ᠠᠮᠢᠳᠤᠷᠠᠯ ᠤᠨ ᠬᠡᠯᠪᠡᠷᠢ ᠮᠠᠶ᠋ᠢᠭ ᠨᠢ ᠡᠷᠡᠭᠦᠯ ᠮᠡᠨᠳᠦ ᠶᠢ ᠰᠢᠭᠤᠳ ᠨᠦᠯᠦᠭᠡᠯᠡᠳᠡᠭ
ᠠᠮᠢᠳᠤᠷᠠᠯ ᠤᠨ ᠬᠡᠯᠪᠡᠷᠢ ᠮᠠᠶ᠋ᠢᠭ ᠨᠢ ᠡᠷᠡᠭᠦᠯ ᠮᠡᠨᠳᠦ ᠶᠢ ᠰᠢᠭᠤᠳ ᠨᠦᠯᠦᠭᠡᠯᠡᠳᠡᠭ
2712
2022-04-09 16:48
发表于:内蒙古
ᠲᠡᠯᠡᠬᠡᠢ ᠶᠢᠨ ᠡᠷᠡᠭᠦᠯ ᠬᠠᠮᠠᠭᠠᠯᠠᠯᠲᠠ ᠶᠢᠨ ᠵᠤᠬᠢᠶᠠᠨ ᠪᠠᠶᠢᠭᠤᠯᠤᠯᠲᠠ ᠶᠢᠨ ᠦᠵᠡᠬᠦ ᠪᠠᠷ᠂ ᠬᠤᠪᠢ ᠬᠦᠮᠦᠨ ᠤ ᠡᠷᠡᠭᠦᠯ ᠮᠠᠨᠳᠦ ᠪᠠ ᠠᠰᠤᠨ ᠬᠤᠳᠤᠭ ᠤᠨ 60% ᠨᠢ ᠦᠪᠡᠷ ᠤᠨ ᠪᠡᠶ᠎ᠡ ᠪᠠᠷ᠂ 15% ᠨᠢ ᠤᠳᠤᠮᠯᠠᠯ ᠢᠶᠠᠷ᠂ 80% ᠨᠢ ᠡᠮ ᠡᠮᠨᠡᠯᠭᠡ ᠶᠢᠨ ᠨᠦᠬᠦᠴᠡᠯ ᠰᠢᠯᠳᠠᠭᠠᠨ ᠢᠶᠠᠷ 10% ᠨᠢ ᠨᠡᠶᠢᠭᠡᠮ ᠤᠨ ᠨᠦᠬᠦᠴᠡᠯ ᠰᠢᠯᠳᠠᠭᠠᠨ ᠢᠶᠠᠷ᠂ 7% ᠨᠢ ᠠᠭᠤᠷ ᠠᠮᠢᠰᠬᠤᠯ ᠤᠨ ᠨᠦᠯᠦᠭᠡᠯᠡᠯ ᠢᠶᠠᠷ ᠲᠤᠭᠳᠠᠭᠠᠭᠳᠠᠳᠠᠭ ᠬᠡᠨ᠎ᠡ᠃ ᠬᠤᠪᠢ ᠬᠦᠮᠦᠨ ᠤ ᠨᠦᠬᠦᠴᠡᠯ ᠰᠢᠯᠳᠠᠭᠠᠨ ᠲᠤᠳᠤᠷ᠎ᠠ ᠠᠮᠢᠳᠤᠷᠠᠯ ᠤᠨ ᠭᠡᠯᠪᠡᠷᠢ ᠮᠠᠶ᠋ᠢᠭ ᠨᠢ ᠪᠠᠰᠠ ᠴᠦ ᠭᠤᠤᠯ ᠰᠢᠯᠳᠠᠭᠠᠨ ᠪᠤᠯᠳᠠᠭ ᠪᠠᠶᠢᠨ᠎ᠠ᠃
ᠠᠮᠧᠷᠢᠺᠠ ᠶᠢᠨ ᠡᠪᠡᠳᠴᠢᠨ ᠡᠮᠬᠡᠭ ᠢ ᠵᠠᠬᠢᠷᠤᠨ ᠡᠵᠡᠮᠰᠢᠬᠦ ᠲᠦᠪ ᠤᠨ ᠰᠣᠳᠣᠯᠭᠠᠨ ᠳᠤ ᠵᠢᠭᠠᠵᠤ ᠭᠠᠷᠭᠠᠭᠰᠠᠨ ᠢᠶᠠᠷ᠂ ᠬᠡᠷᠪᠡ ᠠᠮᠧᠷᠢᠺᠠ ᠶᠢᠨ ᠡᠷᠡᠭᠲᠡᠢ ᠡᠷᠭᠡᠳᠦ ᠠᠷᠠᠳ ᠲᠠᠮᠠᠬᠢ ᠲᠠᠳᠠᠬᠤ ᠦᠬᠡᠢ᠂ ᠬᠡᠮᠵᠢᠶᠡᠨ ᠠᠴᠠ ᠪᠠᠨ ᠬᠡᠳᠦᠷᠡᠳᠡᠯ᠎ᠡ ᠠᠷᠢᠬᠢ ᠤᠤᠭᠤᠬᠤ ᠦᠬᠡᠢ᠂ ᠵᠦᠢ ᠵᠤᠬᠢᠰᠲᠠᠢ ᠪᠠᠷ ᠢᠳᠡᠵᠦ ᠤᠤᠭᠤᠨ᠂ ᠪᠠᠶᠢᠩᠭᠤ ᠶᠢᠨ ᠴᠢᠨᠠᠷᠲᠠᠢ ᠪᠡᠶ᠎ᠡ ᠶᠢᠨ ᠪᠤᠯᠪᠠᠰᠤᠷᠠᠯ ᠬᠢᠬᠦ ᠳᠤ ᠬᠦᠷᠪᠡᠯ ᠲᠤᠮᠳᠠᠴᠢ ᠨᠠᠰᠤᠨ ᠬᠤᠳᠤᠭ ᠢ 10 ᠵᠢᠯ ᠤᠷᠳᠤᠳᠬᠠᠬᠤ ᠪᠤᠯᠤᠯᠴᠠᠭ᠎ᠠ ᠲᠠᠢ ᠶᠤᠮ ᠭᠡᠵᠡᠢ᠃ ᠡᠶᠢᠮᠦ ᠠᠴᠠ ᠡᠮᠨᠡᠯᠭᠡ ᠶᠢᠨ ᠡᠷᠳᠡᠮ ᠰᠢᠨᠵᠢᠯᠡᠬᠡᠨ ᠤ ᠡᠷᠲᠡᠮᠳᠡᠨ ᠤ ᠰᠡᠷᠡᠮᠵᠢᠯᠡᠭᠦᠯᠵᠤ ᠪᠠᠶᠢᠬᠤ ᠪᠠᠷ ᠪᠤᠯ ︽ᠦᠪᠡᠷ ᠤᠨ ᠡᠷᠡᠭᠦᠯ ᠴᠢᠬᠢᠷᠠᠭ ᠪᠠ ᠵᠤᠯ ᠵᠢᠷᠭᠠᠯ ᠳᠤ ᠪᠠᠨ ᠴᠢᠷᠮᠠᠶᠢᠯᠭ᠎ᠠ ᠭᠠᠷᠭᠠᠬᠤ ᠨᠢ ᠡᠮᠴᠢ᠂ ᠡᠮᠨᠡᠯᠭᠡ ᠶᠢᠨ ᠬᠤᠷᠢᠶ᠎ᠠ᠂ ᠪᠤᠰᠤᠳ ᠬᠦᠮᠦᠨ ᠠᠴᠠ ᠲᠡᠮᠵᠢᠯᠬᠡ ᠬᠦᠯᠢᠶᠡᠭᠰᠡᠨ ᠠᠴᠠ ᠨᠡᠩ ᠲᠤᠰᠠᠲᠠᠢ ᠪᠠᠶᠢᠳᠠᠭ︾ ᠬᠡᠵᠡᠢ᠃ ᠮᠠᠭᠤ ᠮᠠᠭᠤᠬᠠᠢ ᠠᠵᠢᠯᠯᠠᠭ᠎ᠠ ᠪᠠ ᠠᠮᠢᠳᠤᠷᠠᠯ ᠤᠨ ᠬᠡᠯᠪᠡᠷᠢ ᠨᠢ ᠰᠢᠨ᠎ᠡ ᠵᠠᠭᠤᠨ ᠤ ᠬᠠᠯᠳᠠᠪᠤᠷᠢᠲᠤ ᠡᠪᠡᠳᠴᠢᠨ ᠪᠤᠯᠵᠤ ᠪᠤᠢ᠂ ᠵᠢᠱᠢᠶᠡᠯᠡᠪᠡᠯ ᠲᠠᠮᠠᠬᠢ ᠲᠠᠳᠠᠬᠤ᠂ ᠠᠷᠢᠬᠢ ᠤᠤᠭᠤᠬᠤ᠂ ᠤᠬᠢᠨᠢᠳᠤᠬᠤ᠂ ᠤᠷᠤᠭ ᠤᠨ ᠭᠠᠳᠠᠨᠠᠬᠢ ᠬᠤᠷᠢᠴᠠᠯ ᠤᠨ ᠠᠮᠢᠳᠤᠷᠠᠯ ᠵᠢᠴᠢ ᠪᠤᠰᠤᠳ ᠡᠯ᠎ᠡ ᠵᠦᠢᠯ ᠤᠨ ᠰᠡᠳᠬᠢᠬᠦᠢ ᠶᠢᠨ ᠡᠪᠡᠳᠴᠢᠨ ᠵᠡᠷᠭᠡ ᠪᠤᠯᠤᠨ᠎ᠠ᠃ ᠡᠬᠦᠨ ᠤ ᠠᠶᠤᠮᠰᠢᠭᠲᠤ ᠴᠢᠨᠠᠷ ᠢ ᠪᠠᠰᠤᠵᠤ ᠪᠤᠯᠬᠤ ᠦᠬᠡᠢ ᠶᠤᠮ᠃
ᠡᠶᠢᠮᠦ ᠠᠴᠠ ᠡᠷᠳᠡᠮᠲᠡᠨ ᠨᠠᠷ ᠤᠨ ᠰᠠᠨᠠᠭᠤᠯᠵᠤ ᠪᠠᠶᠢᠬᠤ ᠪᠠᠷ ᠡᠷᠡᠭᠦᠯ ᠮᠡᠨᠳᠦ ᠤᠷᠳᠤ ᠨᠠᠰᠤᠯᠠᠶᠠ ᠭᠡᠪᠡᠯ ᠠᠮᠢᠳᠤᠷᠠᠯ ᠤᠨ ᠬᠡᠯᠪᠡᠷᠢ ᠮᠠᠶ᠋ᠢᠭ ᠢᠶᠠᠨ ᠰᠢᠨᠵᠢᠯᠡᠬᠦ ᠤᠬᠠᠭᠠᠨᠴᠢ ᠪᠤᠯᠭᠠᠵᠤ᠂ ᠮᠠᠭᠤ ᠮᠠᠭᠤᠬᠠᠢ ᠠᠮᠢᠳᠤᠷᠠᠯ ᠤᠨ ᠲᠠᠳᠬᠠᠯ ᠢᠶᠠᠨ ᠲᠡᠪᠴᠢᠪᠡᠯ ᠵᠤᠬᠢᠨ᠎ᠠ ᠬᠡᠪᠡ᠃
5
0